阿巴嘎旗人民检察院
起 诉 书
阿检公诉刑诉〔2019〕77号
ᠵᠠᠭᠠᠯᠳᠤᠭᠳᠠᠭᠴᠢ ᠪᠠ **᠂ ᠡᠷᠡᠭᠲᠡᠢ ᠂ 1970 ᠣᠨ ᠤ ** ᠰᠠᠷᠠ ᠶᠢᠨ ** ᠦ ᠡᠳᠦᠷ ᠲᠦᠷᠦᠵᠡᠢ ᠂ ᠪᠡᠶᠡ ᠶᠢᠨ ᠦᠨᠡᠮᠯᠡᠯ ᠦᠨ ᠨᠣᠮᠸᠷ᠄ 1525221970********᠂ ᠡᠷᠦᠬᠡ ᠠᠮᠠ ᠪᠠᠶᠢᠭᠠ ᠭᠠᠵᠠᠷ ᠄ ᠦᠪᠦᠷ ᠮᠤᠩᠭᠤᠯ ᠤᠨ ᠰᠢᠯᠢ ᠶᠢᠨ ᠭᠣᠣᠯ ᠠᠶᠢᠮᠠᠭ ᠤᠨ ᠠᠪᠠᠭᠠ ᠬᠣᠰᠢᠭᠤ᠂ ᠮᠤᠩᠭᠤᠯ ᠂ ᠠᠩᠬᠠ ᠳᠤᠮᠳᠠ ᠶᠢᠨ ᠰᠣᠶᠤᠯ ᠲᠠᠢ᠂ ᠮᠠᠯᠴᠢᠨ ᠡᠪ ᠬᠠᠮᠲᠤ ᠨᠠᠮ ᠤᠨ ᠭᠡᠰᠢᠭᠦᠨ᠂ ** ᠪᠠᠯᠭᠠᠰᠤᠨ ᠤ ** ᠭᠠᠴᠠᠭᠠᠨ ᠤ ᠨᠠᠮ ᠤᠨ ᠡᠭᠦᠷ ᠦᠨ ᠱᠦᠵᠢ᠂ ᠣᠳᠤ ᠠᠪᠠᠭᠠ ᠬᠣᠰᠢᠭᠤᠨ ᠤ ** ᠪᠠᠯᠭᠠᠰᠤᠨ ᠤ ** ᠭᠠᠴᠠᠭᠠᠨ ᠳᠤ ᠰᠠᠭᠤᠵᠤ ᠪᠤᠢ᠂ ᠶᠠᠯᠠᠯᠠᠭᠳᠠᠵᠤ ᠦᠩᠭᠡᠷᠡᠭᠰᠡᠨ ᠦᠭᠡᠢ ᠃ 2019 ᠣᠨ ᠤ 6 ᠰᠠᠷᠠ ᠶᠢᠨ 27 ᠤ ᠡᠳᠦᠷ ᠠᠶᠤᠯᠲᠠᠢ ᠵᠢᠯᠤᠭᠤᠳᠤᠭᠰᠠᠨ ᠬᠡᠷᠡᠭ ᠦᠨ ᠰᠡᠵᠢᠭᠯᠡᠯ ᠢᠶᠡᠷ ᠠᠪᠠᠭᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭᠠ ᠠᠪᠴᠦ ᠰᠢᠭᠦᠯᠲᠡ ᠶᠢ ᠬᠦᠯᠢᠶᠡᠬᠦ ᠭᠠᠷ ᠭᠦᠢᠴᠡᠳᠭᠡᠯ ᠬᠢᠪᠡ᠃ 2019 ᠣᠨ ᠤ 11 ᠰᠠᠷᠠ ᠶᠢᠨ 21 ᠤ ᠡᠳᠦᠷ ᠮᠠᠨ ᠤ ᠬᠣᠷᠢᠶᠠᠨ ᠳᠤ ᠳᠠᠬᠢᠨᠲᠠ ᠪᠠᠲᠤᠯᠠᠭᠠ ᠠᠪᠴᠤ ᠰᠢᠭᠦᠯᠲᠡ ᠶᠢ ᠭᠠᠷ ᠭᠦᠢᠴᠡᠳᠭᠡᠯ ᠬᠢᠪᠡ᠃
ᠲᠤᠰ ᠬᠡᠷᠡᠭ ᠢ ᠠᠪᠠᠭᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠪᠠ ** ᠢ ᠠᠶᠤᠯᠲᠠᠢ ᠵᠢᠯᠤᠭᠤᠳᠤᠭᠰᠠᠨ ᠶᠠᠯᠠ ᠶᠢᠨ ᠰᠡᠵᠢᠭᠯᠡᠯ ᠢᠶᠡᠷ ᠂ 2019 ᠣᠨ ᠤ 11 ᠰᠠᠷᠠ ᠶᠢᠨ 21 ᠤ ᠡᠳᠦᠷ ᠮᠠᠨ ᠤ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶᠠ ᠬᠡᠷᠡᠭ ᠢ ᠬᠦᠯᠢᠶᠡᠨ ᠠᠪᠤᠭᠰᠠᠨ ᠤ ᠳᠠᠷᠠᠭᠠ᠂ 2019 ᠣᠨ ᠤ 11 ᠰᠠᠷᠠ ᠶᠢᠨ 21 ᠦ ᠡᠳᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯᠠ ᠪᠠᠨ ᠮᠡᠳᠡᠷᠡᠵᠤ ᠰᠢᠳᠭᠡᠯ ᠬᠦᠯᠢᠶᠡᠬᠦ ᠶᠢᠨ ᠬᠠᠤᠯᠢ ᠶᠢᠨ ᠦᠷᠡ ᠨᠦᠯᠦᠭᠡ ᠶᠢ ᠮᠡᠳᠡᠭᠳᠡᠨ᠂ ᠬᠣᠣᠷᠯᠠᠭᠳᠠᠭᠴᠢ ᠳᠦ ᠵᠠᠷᠭᠤ ᠶᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠶᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠪᠠ** ᠳᠦᠭᠦᠮ ᠵᠢᠷᠤᠮ ᠢᠶᠠᠷ ᠰᠢᠭᠦᠬᠦ ᠶᠢ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2019 ᠣᠨ ᠤ 6 ᠰᠠᠷᠠ ᠶᠢᠨ 17 ᠦ ᠡᠳᠦᠷ ᠦᠨ 21 ᠴᠠᠭ 30 ᠮᠢᠨᠦ᠋ᠲ ᠤᠨ ᠦᠶᠡ ᠪᠡᠷ᠂ ᠵᠠᠭᠠᠯᠳᠤᠭᠳᠠᠭᠴᠢ ᠪᠠ ** ᠠᠷᠢᠬᠢᠨ ᠰᠣᠭᠲᠤᠭᠤ ᠪᠠᠷ 蒙H****5 ᠨᠣᠮᠸᠷᠲᠤ ᠵᠢᠯᠤᠭᠤᠳᠤᠨ᠂ ** ᠪᠠᠯᠭᠠᠰᠤᠨ ᠤ ** ᠲᠣᠭᠤᠷᠢᠭ ᠤᠨ ** ᠠᠰᠠᠷ ᠤᠨ ᠡᠮᠦᠨᠡ ᠵᠡᠭᠦᠨ ᠡᠴᠡ ᠪᠠᠷᠠᠭᠤᠨᠰᠢ ᠶᠠᠪᠤᠵᠤ ᠪᠠᠶᠢᠭᠠᠳ ᠭᠤᠷᠪᠠᠳᠤᠭᠠᠷ ᠨᠢᠭᠡᠴᠡ ᠶᠢᠨ ᠡᠮᠦᠨᠡ ᠵᠣᠭᠰᠤᠵᠤ ᠪᠠᠶᠢᠭᠰᠠᠨ蒙H****G ᠨᠣᠮᠸᠷᠲᠤ ᠶᠢ ᠮᠦᠷᠭᠦᠵᠤ ᠲᠤᠬᠠᠢ ᠶᠢᠨ ᠲᠠᠯᠠᠪᠤᠷ ᠠᠴᠠ ᠰᠢᠭᠤᠳ ᠶᠠᠪᠤᠪᠠ᠃ ᠵᠠᠭᠠᠯᠳᠤᠭᠳᠠᠭᠴᠢ ᠪᠠ** ᠲᠤᠰ ᠭᠡᠨᠡᠳᠡᠯ ᠦᠨ ᠬᠡᠷᠡᠭ ᠦᠨ ᠪᠦᠬᠦ ᠬᠠᠷᠢᠭᠤᠴᠠᠯᠭᠠ ᠶᠢ ᠡᠭᠦᠷᠭᠡᠯᠡᠨᠡ᠃ ᠪᠠ ** ᠤᠨ ᠤᠨ ᠬᠡᠮᠵᠢᠶᠡ 184.24 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠶᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠶᠢᠨ ᠭᠡᠷᠡᠴᠢ᠂ ᠬᠡᠮᠵᠢᠶᠡᠨ ᠦ ᠭᠡᠷᠡᠴᠢ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠳᠭᠡᠯ ᠢᠶᠡᠷ ᠰᠢᠳᠭᠡᠬᠦ ᠲᠤᠭᠲᠠᠭᠠᠯ ᠤᠨ ᠪᠢᠴᠢᠭ ᠵᠡᠷᠭᠡ ᠪᠢᠴᠢᠭ ᠦᠨ ᠭᠡᠷᠡᠴᠢ︔ ᠬᠣᠣᠷᠯᠠᠭᠳᠠᠭᠴᠢ ᠠ** ᠪᠤᠯᠤᠨ ᠰᠠ** ᠤᠨ ᠲᠣᠭᠠᠴᠢᠯᠲᠠ︔ ᠵᠠᠮ ᠬᠠᠷᠢᠯᠴᠠᠭᠠᠨ ᠤ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ᠂ ᠪᠢᠴᠢᠭ᠂ ᠰᠡᠭᠦᠳᠡᠷ ᠪᠠᠶᠢᠨᠠ᠃
ᠳᠡᠭᠡᠷᠡᠬᠢ ᠭᠡᠷᠡᠴᠢ ᠪᠠᠷᠢᠮᠳᠠ ᠶᠢ ᠴᠤᠭᠯᠠᠭᠤᠯᠤᠭᠰᠠᠨ ᠵᠢᠷᠤᠮ ᠨᠢ ᠬᠠᠤᠯᠢ ᠶᠢᠨ ᠲᠤᠭᠲᠠᠭᠠᠯ ᠳᠤ ᠨᠡᠶᠢᠴᠡᠵᠤ᠂ ᠠᠭᠤᠯᠭᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨᠡ᠃ ᠵᠠᠭᠠᠯᠳᠤᠭᠳᠠᠭᠴᠢ ᠪᠠ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠶᠢᠨ ᠳᠤᠷᠠ ᠠᠴᠠ ᠪᠠᠨ ᠶᠠᠯᠠ ᠪᠠᠨ ᠮᠡᠳᠡᠷᠡᠵᠤ᠂ ᠰᠢᠳᠭᠡᠯ ᠬᠦᠯᠢᠶᠡᠨᠡ᠃
ᠪᠠ** ᠬᠠᠶᠢᠬᠤᠷᠬᠤ ᠦᠭᠡᠢ ᠰᠣᠭᠲᠤᠭᠤ ᠪᠠᠷ ᠵᠢᠷᠭᠤᠳᠤᠭᠠᠷ ᠨᠢᠭᠡᠳᠦᠭᠡᠷ ᠵᠣᠷᠪᠤᠰ ᠤᠨ
ᠡᠭᠦᠨ ᠦ ᠲᠤᠯᠠ
ᠠᠪᠠᠭᠠ ᠬᠣᠰᠢᠭᠤᠨ ᠤ ᠠᠷᠠᠳ ᠤᠨ ᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨᠠ
2019 ᠤᠨ ᠤ 12 ᠰᠠᠷᠠ ᠶᠢᠨ 12 ᠤ ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠪᠠ ** ᠠᠪᠠᠭᠠ ᠬᠣᠰᠢᠭᠤᠨ ᠤ ** ᠪᠠᠯᠭᠠᠰᠤᠨ ᠤ ** ᠭᠠᠴᠠᠭᠠᠨ ᠤ ᠭᠡᠷ ᠲᠦ ᠪᠡᠨ ᠪᠠᠲᠤᠯᠠᠭᠠ ᠠᠪᠴᠦ ᠰᠢᠭᠦᠯᠲᠡ ᠶᠢ ᠬᠦᠯᠢᠶᠡᠵᠤ ᠪᠠᠶᠢᠨᠠ᠃
2. ᠬᠡᠷᠡᠭ ᠦᠨ ᠡᠪᠬᠡᠮᠡᠯ ᠬᠣᠶᠠᠷ ᠪᠣᠳᠢ᠃
3. ᠶᠠᠯᠠ ᠪᠠᠨ ᠮᠡᠳᠡᠷᠡᠨ ᠰᠢᠳᠭᠡᠯ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭᠠ ᠶᠢᠨ ᠪᠢᠴᠢᠭ ᠨᠢᠭᠡ ᠬᠤᠪᠢ᠃
评论
成为第一个评论者
发表评论
评论